ᠶᠠᠮᠤᠨ ᠤ ᠲᠤᠬᠠᠢ

ᠪᠠᠲᠤᠯᠠᠨ ᠬᠠᠮᠠᠭᠠᠯᠠᠬᠤ ᠶᠠᠮᠤᠨ ᠤ ᠡᠷᠬᠢᠮ ᠵᠣᠷᠢᠯᠭ᠎ᠠ

ᠣᠯᠠᠨ ᠤᠯᠤᠰ ᠤᠨ ᠪᠣᠯᠤᠨ ᠪᠥᠰᠡ ᠨᠤᠲᠤᠭ ᠤᠨ ᠠᠶᠤᠯ ᠦᠭᠡᠢ ᠪᠠᠶᠢᠳᠠᠯ ᠤᠨ ᠣᠷᠴᠢᠨ ᠤ ᠲᠥᠯᠥᠪ᠂ ᠥᠭᠡᠷᠡᠴᠢᠯᠡᠯᠲᠡ ᠶᠢᠨ ᠬᠠᠨᠳᠤᠯᠭ᠎ᠠ ᠳᠤ ᠨᠡᠶᠢᠴᠡᠭᠰᠡᠨ ᠪᠠᠲᠤᠯᠠᠨ ᠬᠠᠮᠠᠭᠠᠯᠠᠬᠤ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠣᠷᠣᠨ ᠤ ᠬᠥᠭᠵᠢᠯ ᠦᠨ ᠵᠣᠷᠢᠯᠭ᠎ᠠ᠂ ᠦᠨᠳᠦᠰᠦᠨ ᠦ ᠢᠵᠠᠭᠤᠷ ᠠᠰᠢᠭ ᠰᠣᠨᠢᠷᠬᠠᠯ ᠳᠤ ᠲᠤᠯᠭᠠᠭᠤᠷᠢᠯᠠᠭᠰᠠᠨ ᠤᠶᠠᠨ ᠬᠠᠲᠠᠨ᠂ ᠣᠨᠣᠪᠴᠢᠲᠠᠢ ᠪᠠᠲᠤᠯᠠᠨ ᠬᠠᠮᠠᠭᠠᠯᠠᠬᠤ ᠨᠢᠭᠡᠳᠦᠮᠡᠯ ᠲᠣᠭᠲᠠᠯᠴᠠᠭ᠎ᠠ ᠶᠢ ᠲᠥᠯᠦᠪᠰᠢᠭᠦᠯᠦᠨ᠂ ᠤᠯᠤᠰ ᠣᠷᠣᠨ ᠤ ᠪᠠᠨ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠦᠨ ᠪᠦᠷᠢᠨ ᠪᠦᠲᠦᠨ ᠪᠠᠶᠢᠳᠠᠯ᠂ ᠣᠷᠣᠰᠢᠨ ᠲᠣᠭᠲᠠᠨᠢᠬᠤᠢ ᠶᠢᠨ ᠠᠶᠤᠯ ᠦᠭᠡᠢ ᠪᠠᠶᠢᠳᠠᠯ ᠢ ᠨᠠᠶᠢᠳᠠᠪᠤᠷᠢᠲᠠᠢ ᠬᠠᠩᠭᠠᠬᠤ ᠶᠠᠪᠤᠳᠠᠯ ᠮᠥᠨ᠃

ᠪᠠᠲᠤᠯᠠᠨ ᠬᠠᠮᠠᠭᠠᠯᠠᠬᠤ ᠶᠠᠮᠤᠨ ᠤ ᠦᠢᠯᠡ ᠠᠵᠢᠯᠯᠠᠭᠠᠨ ᠤ ᠲᠡᠷᠢᠭᠦᠯᠡᠬᠦ ᠴᠢᠭᠯᠡᠯ
ᠶᠠᠮᠤ ᠨᠢ ᠳᠣᠣᠷ᠎ᠠ ᠳᠤᠷᠠᠳᠤᠭᠰᠠᠨ ᠦᠢᠯᠡ ᠠᠵᠢᠯᠯᠠᠭᠠᠨ ᠤ ᠲᠡᠷᠢᠭᠦᠯᠡᠬᠦ ᠴᠢᠭᠯᠡᠯ ᠲᠡᠢ ᠠᠵᠢᠯᠯᠠᠨ᠎ᠠ᠄

  • ᠣᠯᠠᠨ ᠤᠯᠤᠰ ᠤᠨ ᠪᠣᠯᠤᠨ ᠪᠥᠰᠡ ᠨᠤᠲᠤᠭ ᠤᠨ ᠠᠶᠤᠯ ᠦᠭᠡᠢ ᠪᠠᠶᠢᠳᠠᠯ ᠤᠨ ᠣᠷᠴᠢᠨ ᠤ ᠲᠥᠯᠥᠪ᠂ ᠥᠭᠡᠷᠡᠴᠢᠯᠡᠯᠲᠡ ᠶᠢᠨ ᠬᠠᠨᠳᠤᠯᠭ᠎ᠠ ᠳᠤ ᠨᠡᠶᠢᠴᠡᠭᠰᠡᠨ ᠪᠠᠲᠤᠯᠠᠨ ᠬᠠᠮᠠᠭᠠᠯᠠᠬᠤ ᠪᠣᠳᠣᠯᠭ᠎ᠠ᠂ ᠵᠣᠷᠢᠯᠲᠠ ᠶᠢ ᠲᠣᠳᠣᠷᠬᠠᠶᠢᠯᠠᠵᠤ᠂ ᠡᠷᠬᠡ ᠵᠦᠢ ᠶᠢᠨ ᠲᠠᠭᠠᠲᠠᠢ ᠣᠷᠴᠢᠨ ᠢ ᠪᠦᠷᠢᠳᠦᠭᠦᠯᠵᠦ᠂ ᠤᠯᠤᠰ ᠣᠷᠣᠨ ᠢ ᠪᠠᠲᠤᠯᠠᠨ ᠬᠠᠮᠠᠭᠠᠯᠠᠬᠤ ᠴᠢᠳᠠᠪᠬᠢ ᠶᠢ ᠨᠡᠮᠡᠭᠳᠡᠭᠦᠯᠬᠦ;
  • ᠤᠯᠤᠰ ᠣᠷᠣᠨ ᠤ ᠬᠥᠭᠵᠢᠯ ᠦᠨ ᠵᠣᠷᠢᠯᠭ᠎ᠠ᠂ ᠦᠨᠳᠦᠰᠦᠨ ᠦ ᠢᠵᠠᠭᠤᠷ ᠡᠷᠬᠡ ᠠᠰᠢᠭ ᠲᠤ ᠲᠤᠯᠭᠠᠭᠤᠷᠢᠯᠠᠭᠰᠠᠨ ᠤᠶᠠᠨ ᠬᠠᠲᠠᠨ᠂ ᠣᠨᠣᠪᠴᠢᠲᠠᠢ ᠪᠠᠲᠤᠯᠠᠨ ᠬᠠᠮᠠᠭᠠᠯᠠᠬᠤ ᠨᠢᠭᠡᠳᠦᠮᠡᠯ ᠲᠣᠭᠲᠠᠯᠴᠠᠭ᠎ᠠ ᠶᠢ ᠲᠥᠯᠦᠪᠰᠢᠭᠦᠯᠬᠦ;
  • ᠮᠣᠩᠭᠣᠯ ᠤᠯᠤᠰ ᠤᠨ ᠪᠠᠲᠤᠯᠠᠨ ᠬᠠᠮᠠᠭᠠᠯᠠᠬᠤ ᠡᠷᠬᠡ ᠠᠰᠢᠭ ᠲᠤ ᠨᠡᠶᠢᠴᠡᠭᠰᠡᠨ ᠣᠷᠣᠨ ᠨᠤᠲᠤᠭ ᠤᠨ ᠬᠠᠮᠠᠭᠠᠯᠠᠯᠲᠠ᠂ ᠤᠯᠤᠰ ᠤᠨ ᠪᠣᠯᠤᠨ ᠴᠡᠷᠢᠭ ᠦᠨ ᠳᠠᠶᠢᠴᠢᠯᠠᠭᠠᠨ ᠤ ᠲᠥᠯᠥᠪᠯᠡᠯᠲᠡ᠂ ᠲᠣᠭᠲᠠᠯᠴᠠᠭ᠎ᠠ ᠶᠢ ᠪᠣᠯᠪᠠᠰᠤᠷᠠᠩᠭᠤᠢ ᠪᠣᠯᠭᠠᠬᠤ;
  • ᠤᠯᠤᠰ ᠣᠷᠣᠨ ᠢ ᠪᠠᠲᠤᠯᠠᠨ ᠬᠠᠮᠠᠭᠠᠯᠠᠬᠤ ᠦᠢᠯᠡ ᠠᠵᠢᠯᠯᠠᠭ᠎ᠠ ᠨᠢ ᠢᠷᠭᠡᠨ ᠪᠦᠷᠢ ᠶᠢᠨ ᠣᠷᠣᠯᠴᠠᠭᠠᠨ ᠳᠤ ᠲᠤᠯᠭᠠᠭᠤᠷᠢᠯᠠᠵᠤ᠂ ᠴᠡᠷᠢᠭ ᠦᠨ ᠠᠯᠪᠠ ᠶᠢ ᠢᠷᠭᠡᠨ ᠦ ᠲᠥᠯᠦᠪᠰᠢᠯ᠂ ᠡᠬᠡ ᠣᠷᠣᠨᠴᠢ ᠦᠵᠡᠯ ᠬᠦᠮᠦᠵᠢᠯ ᠦᠨ ᠦᠨᠳᠦᠰᠦ ᠪᠠᠶᠢᠬᠤ ᠪᠣᠳᠣᠯᠭ᠎ᠠ ᠶᠢ ᠬᠡᠷᠡᠭᠵᠢᠭᠦᠯᠬᠦ;
  • ᠪᠠᠲᠤᠯᠠᠨ ᠬᠠᠮᠠᠭᠠᠯᠠᠬᠤ ᠭᠠᠳᠠᠭᠠᠳᠤ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠵᠦ᠂ ᠳᠡᠯᠡᠬᠡᠢ ᠶᠢᠨ ᠪᠣᠯᠤᠨ ᠪᠦᠰᠡ ᠨᠤᠲᠤᠭ ᠤᠨ ᠣᠷᠣᠨ ᠨᠤᠭᠤᠳ ᠲᠠᠢ ᠴᠡᠷᠢᠭ ᠦᠨ ᠢᠲᠡᠭᠡᠯᠴᠡᠯ ᠢ ᠪᠡᠬᠢᠵᠢᠭᠦᠯᠬᠦ;
  • ᠵᠡᠪᠰᠡᠭᠲᠦ ᠬᠦᠴᠦᠨ ᠦ ᠪᠦᠲᠦᠴᠡ᠂ ᠵᠣᠬᠢᠶᠠᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠭᠵᠢᠯ ᠦᠨ ᠲᠥᠯᠥᠪᠯᠡᠯᠲᠡ ᠶᠢ ᠰᠢᠨᠡᠴᠢᠯᠡᠨ ᠲᠣᠳᠣᠷᠬᠠᠶᠢᠯᠠᠵᠤ᠂ ᠵᠡᠪᠰᠡᠭᠯᠡᠯ᠂ ᠴᠡᠷᠢᠭ ᠦᠨ ᠲᠧᠭᠨᠢᠭ ᠢ ᠰᠢᠨᠡᠳᠭᠡᠬᠦ᠂ ᠰᠡᠷᠭᠦᠭᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠬᠤᠯᠠᠴᠢᠯᠠᠨ ᠪᠡᠯᠡᠨ ᠪᠠᠶᠢᠳᠠᠯ᠂ ᠡᠭᠦᠷᠭᠡ ᠭᠦᠢᠴᠡᠳᠭᠡᠬᠦ ᠴᠢᠳᠠᠪᠬ᠎ᠠ ᠶᠢ ᠨᠡᠮᠡᠭᠳᠡᠭᠦᠯᠬᠦ;
  • ᠡᠩᠬᠡ ᠶᠢ ᠳᠡᠮᠵᠢᠬᠦ ᠠᠵᠢᠯᠯᠠᠭᠠᠨ ᠳᠤ ᠣᠷᠣᠯᠴᠠᠬᠤ ᠵᠡᠪᠰᠡᠭᠲᠦ ᠬᠦᠴᠦᠨ ᠦ ᠴᠢᠳᠠᠪᠬᠢ ᠶᠢ ᠨᠡᠮᠡᠭᠳᠡᠭᠦᠯᠬᠦ ᠪᠣᠳᠣᠯᠭ᠎ᠠ ᠪᠠᠷᠢᠮᠲᠠᠯᠠᠬᠤ;
  • ᠪᠠᠲᠤᠯᠠᠨ ᠬᠠᠮᠠᠭᠠᠯᠠᠬᠤ ᠰᠠᠯᠪᠤᠷᠢ ᠶᠢᠨ ᠬᠥᠷᠥᠩᠭᠡ ᠣᠷᠣᠭᠤᠯᠤᠯᠲᠠ ᠶᠢᠨ ᠪᠣᠳᠣᠯᠭ᠎ᠠ᠂ ᠲᠥᠯᠥᠪᠯᠡᠯᠲᠡ ᠶᠢ ᠪᠣᠯᠪᠠᠰᠤᠷᠠᠩᠭᠤᠢ ᠪᠣᠯᠭᠠᠵᠤ᠂ ᠪᠠᠲᠤᠯᠠᠨ ᠬᠠᠮᠠᠭᠠᠯᠠᠬᠤ ᠠᠵᠤ ᠦᠢᠯᠡᠳᠪᠦᠷᠢᠯᠡᠯ ᠢ ᠥᠷᠭᠡᠵᠢᠭᠦᠯᠬᠦ;
  • ᠪᠠᠲᠤᠯᠠᠨ ᠬᠠᠮᠠᠭᠠᠯᠠᠬᠤ ᠰᠠᠯᠪᠤᠷᠢ ᠳᠤ ᠠᠵᠢᠯᠯᠠᠭᠰᠠᠳ ᠤᠨ ᠠᠯᠪᠠ ᠬᠠᠭᠠᠬᠤ ᠨᠥᠬᠥᠴᠡᠯ ᠢ ᠰᠠᠶᠢᠵᠢᠷᠠᠭᠤᠯᠵᠤ᠂ ᠨᠡᠶᠢᠭᠡᠮ ᠦᠨ ᠬᠠᠮᠠᠭᠠᠯᠠᠯ ᠢ ᠳᠡᠭᠡᠭᠰᠢᠯᠡᠭᠦᠯᠬᠦ᠃

ᠪᠠᠲᠤᠯᠠᠨ ᠬᠠᠮᠠᠭᠠᠯᠠᠬᠤ ᠶᠠᠮᠤᠨ ᠤ ᠦᠢᠯᠡ ᠠᠵᠢᠯᠯᠠᠭᠠᠨ ᠤ ᠰᠲᠷᠠᠲ᠋ᠧᠭᠢ ᠶᠢᠨ ᠵᠣᠷᠢᠯᠲᠠ
ᠶᠠᠮᠤ ᠨᠢ ᠡᠷᠬᠢᠮ ᠵᠣᠷᠢᠯᠭ᠎ᠠ ᠶᠢᠨ ᠢᠶᠠᠨ ᠬᠦᠷᠢᠶᠡᠨ ᠳᠦ ᠦᠢᠯᠡ ᠠᠵᠢᠯᠯᠠᠭᠠᠨ ᠤ ᠰᠲᠷᠠᠲ᠋ᠧᠭᠢ ᠶᠢᠨ ᠳᠠᠷᠠᠭᠠᠬᠢ ᠵᠣᠷᠢᠯᠲᠠ ᠶᠢ ᠬᠡᠷᠡᠭᠵᠢᠭᠦᠯᠦᠨ᠎ᠡ᠄

  • ᠪᠠᠲᠤᠯᠠᠨ ᠬᠠᠮᠠᠭᠠᠯᠠᠬᠤ ᠨᠢᠭᠡᠳᠦᠮᠡᠯ ᠲᠣᠭᠲᠠᠯᠴᠠᠭ᠎ᠠ ᠶᠢ ᠲᠥᠯᠦᠪᠰᠢᠭᠦᠯᠬᠦ ᠬᠠᠤᠯᠢ ᠲᠣᠭᠲᠠᠭᠠᠮᠵᠢ ᠶᠢᠨ ᠲᠥᠰᠥᠯ᠂ ᠪᠣᠳᠣᠯᠭ᠎ᠠ ᠶᠢᠨ ᠲᠥᠯᠥᠪᠯᠡᠯᠲᠡ᠂ ᠪᠣᠳᠣᠯᠭ᠎ᠠ ᠶᠢᠨ ᠪᠠᠷᠢᠮᠲᠠ ᠪᠢᠴᠢᠭ ᠦᠨ ᠬᠤᠪᠢᠯᠪᠤᠷᠢ᠂ ᠲᠥᠰᠥᠯ ᠪᠣᠯᠪᠠᠰᠤᠷᠠᠭᠤᠯᠬᠤ᠂ ᠪᠣᠳᠣᠯᠭ᠎ᠠ ᠶᠢᠨ ᠨᠢᠭᠡᠳᠦᠭᠰᠡᠨ ᠤᠳᠤᠷᠢᠳᠤᠯᠭ᠎ᠠ᠂ ᠤᠳᠤᠷᠢᠳᠤᠮᠵᠢ ᠪᠠᠷ ᠬᠠᠩᠭᠠᠬᠤ;
  • ᠲᠥᠷᠥ ᠶᠢᠨ ᠵᠠᠬᠢᠷᠭᠠᠨ ᠤ ᠪᠣᠯᠤᠨ ᠬᠦᠮᠦᠨ ᠦ ᠨᠥᠭᠡᠴᠡ ᠶᠢᠨ ᠤᠳᠤᠷᠢᠳᠤᠯᠭ᠎ᠠ ᠶᠢᠨ ᠮᠠᠩᠯᠠᠶᠢᠯᠠᠯ ᠢ ᠬᠠᠩᠭᠠᠬᠤ᠂ ᠨᠡᠶᠢᠭᠡᠮ ᠤᠨ ᠬᠠᠮᠠᠭᠠᠯᠠᠯ ᠤᠨ ᠪᠣᠳᠣᠯᠭ᠎ᠠ᠂ ᠲᠥᠯᠥᠪᠯᠡᠯᠲᠡ ᠶᠢ ᠪᠣᠯᠪᠠᠰᠤᠷᠠᠭᠤᠯᠬᠤ᠂ ᠲᠥᠰᠥᠪ ᠦᠨ ᠶᠡᠷᠦᠩᠬᠡᠶᠢᠯᠡᠨ ᠵᠠᠬᠢᠷᠤᠭᠴᠢ ᠶᠢᠨ ᠲᠥᠰᠥᠪ ᠢ ᠲᠥᠯᠥᠪᠯᠡᠬᠦ᠂ ᠰᠠᠩᠬᠦᠦ ᠶᠢᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠬᠤ;
  • ᠪᠠᠲᠤᠯᠠᠨ ᠬᠠᠮᠠᠭᠠᠯᠠᠬᠤ ᠬᠠᠤᠯᠢ ᠲᠣᠭᠲᠠᠭᠠᠮᠵᠢ᠂ ᠪᠣᠳᠣᠯᠭ᠎ᠠ ᠶᠢᠨ ᠬᠡᠷᠡᠭᠵᠢᠯᠲᠡ ᠶᠢ ᠵᠣᠬᠢᠶᠠᠨ ᠪᠠᠶᠢᠭᠤᠯᠬᠤ᠂ ᠵᠡᠪᠰᠡᠭᠯᠡᠯ᠂ ᠲᠧᠭᠨᠢᠭ᠂ ᠮᠠᠲ᠋ᠧᠷᠢᠶᠠᠯ ᠬᠡᠷᠡᠭᠰᠡᠯ ᠪᠣᠯᠤᠨ ᠪᠠᠲᠤᠯᠠᠨ ᠬᠠᠮᠠᠭᠠᠯᠠᠬᠤ ᠵᠣᠷᠢᠭᠤᠯᠤᠯᠲᠠ ᠪᠦᠬᠦᠢ ᠮᠠᠲ᠋ᠧᠷᠢᠶᠠᠯᠯᠢᠭ ᠨᠥᠭᠡᠴᠡ ᠶᠢ ᠰᠢᠨᠡᠳᠭᠡᠬᠦ᠂ ᠪᠦᠷᠢᠳᠦᠭᠦᠯᠬᠦ᠂ ᠬᠠᠳᠠᠭᠠᠯᠠᠬᠤ᠂ ᠬᠠᠩᠭᠠᠬᠤ ᠠᠵᠢᠯ ᠢ ᠵᠣᠬᠢᠴᠠᠭᠤᠯᠬᠤ;
  • ᠪᠠᠲᠤᠯᠠᠨ ᠬᠠᠮᠠᠭᠠᠯᠠᠬᠤ ᠭᠠᠳᠠᠭᠠᠳᠤ ᠬᠠᠮᠲᠤ ᠶᠢᠨ ᠠᠵᠢᠯᠯᠠᠭᠠᠨ ᠤ ᠪᠣᠳᠣᠯᠭ᠎ᠠ ᠶᠢᠨ ᠬᠦᠷᠢᠶᠡᠨ ᠳᠦ ᠭᠠᠳᠠᠭᠠᠳᠤ ᠶᠢᠨ ᠤᠯᠤᠰ ᠣᠷᠣᠨ ᠨᠤᠭᠤᠳ ᠲᠠᠢ ᠴᠡᠷᠢᠭ ᠦᠨ ᠢᠲᠡᠭᠡᠯᠴᠡᠯ ᠢ ᠪᠡᠬᠢᠵᠢᠭᠦᠯᠬᠦ ᠪᠣᠳᠣᠯᠭ᠎ᠠ ᠶᠢ ᠵᠣᠬᠢᠶᠠᠨ ᠪᠠᠶᠢᠭᠤᠯᠬᠤ᠂ ᠵᠣᠬᠢᠴᠠᠭᠤᠯᠬᠤ;
  • ᠪᠠᠲᠤᠯᠠᠨ ᠬᠠᠮᠠᠭᠠᠯᠠᠬᠤ ᠰᠠᠯᠪᠤᠷᠢ ᠶᠢᠨ ᠳᠣᠲᠣᠭᠠᠳᠤ ᠦᠢᠯᠡ ᠠᠵᠢᠯᠯᠠᠭᠠᠨ ᠳᠤ ᠬᠢᠨᠠᠯᠲᠠ ᠰᠢᠨᠵᠢᠯᠡᠭᠡ᠂ ᠦᠨᠡᠯᠡᠭᠡ ᠬᠢᠵᠦ᠂ ᠡᠷᠦᠰᠳᠡᠯ ᠢ ᠲᠣᠭᠠᠴᠠᠬᠤ᠂ ᠬᠠᠷᠠᠭᠠᠲᠤ ᠪᠤᠰᠤ ᠳᠣᠲᠣᠭᠠᠳᠤ ᠠᠦ᠋ᠳᠢᠲ ᠶᠠᠪᠤᠭᠤᠯᠬᠤ᠂ ᠬᠡᠷᠡᠭᠯᠡᠭᠴᠢᠳ ᠢ ᠮᠡᠳᠡᠭᠡᠯᠡᠯ ᠢᠶᠡᠷ ᠬᠠᠩᠭᠠᠬᠤ᠃