ᠮᠣᠩᠭᠣᠯ ᠤᠯᠤᠰ ᠤᠨ ᠲᠥᠷᠥ ᠶᠢᠨ ᠠᠯᠪᠠᠨ ᠤ ᠲᠤᠬᠠᠢ ᠬᠠᠤᠯᠢ ᠶᠢᠨ ᠓᠖ ᠳ᠋ᠤᠭᠠᠷ ᠵᠦᠢᠯ ᠦᠨ ᠓᠖.᠑ ᠳ᠋ᠡᠬᠢ ᠬᠡᠰᠡᠭ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠑᠙᠙5 ᠣᠨ ᠤ ᠑᠐᠙ ᠳᠦᠭᠡᠷ ᠵᠠᠷᠯᠢᠭ ᠢᠶᠠᠷ ᠪᠠᠲᠤᠯᠠᠭᠰᠠᠨ 《ᠲᠥᠷᠥ ᠶᠢᠨ ᠵᠠᠬᠢᠷᠭᠠᠨ ᠤ ᠠᠯᠪᠠᠨ ᠬᠠᠭᠠᠭᠴᠢ ᠶᠢᠨ ᠲᠠᠩᠭᠠᠷᠢᠭ ᠡᠷᠭᠦᠬᠦ ᠶᠣᠰᠣᠯᠠᠯ ᠤᠨ ᠵᠢᠷᠤᠮ》 ᠍ ᠢ ᠦᠨᠳᠦᠰᠦᠯᠡᠨ ᠥᠨᠥᠳᠥᠷ ᠪᠠ᠊ ᠬᠠ᠊ ᠶᠠ᠊ ᠍ ᠤ ᠭᠠᠵᠠᠷ᠂ ᠬᠡᠯᠲᠡᠰ ᠦᠨ ᠳᠠᠷᠤᠭ᠎ᠠ ᠨᠠᠷ᠂ ᠠᠬᠠᠯᠠᠬᠤ ᠮᠡᠷᠭᠡᠵᠢᠯᠲᠡᠨ᠂ ᠮᠡᠷᠭᠡᠵᠢᠯᠲᠡᠨ ᠨᠦᠭᠦᠳ ᠵᠡᠷᠭᠡ ᠔᠐ ᠭᠠᠷᠤᠢ ᠠᠯᠪᠠ ᠬᠠᠭᠠᠭᠴᠢ ᠲᠥᠷᠥ ᠶᠢᠨ ᠵᠢᠩᠬᠢᠨᠢ ᠠᠯᠪᠠ ᠬᠠᠭᠠᠭᠴᠢ ᠶᠢᠨ ᠲᠠᠩᠭᠠᠷᠢᠭ ᠡᠷᠭᠦᠬᠦ ᠶᠣᠰᠣᠯᠠᠯ ᠤᠨ ᠦᠢᠯᠡ ᠠᠵᠢᠯᠯᠠᠭᠠᠨ ᠳᠤ ᠣᠷᠣᠯᠴᠠᠵᠤ ᠮᠣᠩᠭᠣᠯ ᠤᠯᠤᠰ ᠤᠨ ᠲᠥᠷᠥ ᠶᠢᠨ ᠳᠠᠯᠪᠠᠭᠠᠨ ᠳᠤ ᠬᠦᠨᠳᠦᠳᠬᠡᠯ ᠦᠵᠡᠭᠦᠯᠬᠦ ᠶᠢᠨ ᠵᠡᠷᠭᠡᠴᠡᠭᠡ ᠲᠠᠩᠭᠠᠷᠢᠭ ᠤᠨ ᠪᠢᠴᠢᠭ ᠲᠦ ᠭᠠᠷ ᠤᠨ ᠦᠰᠦᠭ ᠵᠢᠷᠤᠭᠰᠠᠨ ᠶᠤᠮ᠃ ᠮᠥᠨ ᠡᠨᠡ ᠦᠢᠯᠡ ᠶᠠᠪᠤᠳᠠᠯ ᠤᠨ ᠬᠠᠵᠠᠭᠤ ᠪᠠᠷ ᠪᠠ᠊ ᠬᠠ᠊ ᠶᠠ᠊ ᠍ ᠤ ᠵᠠᠷᠢᠮ ᠠᠵᠢᠯᠲᠠᠨ᠂ ᠠᠯᠪᠠ ᠬᠠᠭᠠᠭᠴᠢᠳ ᠲᠤ ᠠᠷᠠᠳ ᠤᠨ ᠬᠤᠪᠢᠰᠬᠠᠯ ᠤᠨ ᠑᠐᠐ ᠵᠢᠯ ᠦᠨ ᠣᠢ ᠶᠢᠨ ᠮᠧᠳᠠᠯ ᠢ ᠭᠠᠷᠳᠠᠭᠤᠯᠬᠤ ᠶᠢᠨ ᠰᠠᠴᠠᠭᠤ ᠕᠐ ᠍ ᠢ ᠠᠴᠠ ᠳᠡᠭᠡᠭᠰᠢ ᠨᠠᠰᠤᠨ ᠤ ᠠᠯᠪᠠ ᠬᠠᠭᠠᠭᠴᠢᠳ ᠲᠤ ᠬᠦᠨᠳᠦᠳᠬᠡᠯ ᠦᠵᠡᠭᠦᠯᠦᠯ᠎ᠡ᠃
ᠲᠤᠰ ᠦᠢᠯᠡ ᠠᠵᠢᠯᠯᠠᠭᠠᠨ ᠤ ᠦᠶ᠎ᠡ ᠪᠡᠷ ᠪᠠ᠊ ᠬᠠ᠊ ᠶᠠ᠊ ᠍ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠪᠠᠷᠢᠭᠠᠳᠠ ᠶᠢᠨ ᠭᠧᠨᠧᠷᠠᠯ ᠳ ∙ ᠭᠠᠩᠬᠤᠶᠠᠭ ᠬᠡᠯᠡᠭᠰᠡᠨ ᠦᠭᠡᠨ ᠳᠦ ᠪᠡᠨ 《ᠡᠬᠡ ᠣᠷᠣᠨ᠂ ᠠᠷᠠᠳ ᠲᠦᠮᠡᠨ ᠦ ᠪᠡᠨ ᠲᠥᠯᠥᠭᠡ ᠡᠷᠳᠡᠮ ᠴᠢᠳᠠᠯ ᠢᠶᠠᠨ ᠵᠣᠷᠢᠭᠤᠯᠵᠤ᠂ ᠮᠣᠩᠭᠣᠯ ᠤᠯᠤᠰ ᠤᠨ ᠬᠠᠤᠯᠢ᠂ ᠶᠣᠰᠣ ᠵᠦᠢ ᠶᠢᠨ ᠬᠡᠮ ᠬᠡᠮᠵᠢᠶ᠎ᠡ ᠶᠢ ᠴᠢᠩᠳᠠ ᠰᠠᠬᠢᠵᠤ᠂ ᠦᠨᠳᠦᠰᠦᠨ ᠦ ᠢᠵᠠᠭᠤᠷ ᠠᠰᠢᠭ ᠰᠣᠨᠢᠷᠬᠠᠯ ᠳᠤ ᠵᠠᠬᠢᠷᠤᠭᠳᠠᠨ ᠲᠥᠷᠥ ᠶᠢᠨ ᠠᠯᠪᠠᠨ ᠤ ᠨᠡᠷ᠎ᠡ ᠬᠦᠨᠳᠦ ᠶᠢ ᠥᠨᠳᠥᠷ ᠲᠦ ᠡᠷᠭᠦᠵᠦ ᠶᠠᠪᠤᠬᠤ ᠪᠠᠨ ᠲᠠᠩᠭᠠᠷᠢᠭᠯᠠᠨ᠂ ᠲᠥᠷᠥ ᠶᠢᠨ ᠵᠠᠬᠢᠷᠭᠠᠨ ᠤ ᠠᠯᠪᠠᠨ ᠳᠤ ᠠᠩᠬ᠎ᠠ ᠤᠳᠠᠭ᠎ᠠ ᠲᠣᠮᠢᠯᠠᠭᠳᠠᠨ ᠠᠵᠢᠯᠯᠠᠵᠤ ᠪᠠᠶᠢᠭ᠎ᠠ ᠶᠠᠮᠤᠨ ᠤ ᠪᠠᠨ ᠨᠡᠶᠢᠲᠡ ᠪᠡᠶ᠎ᠡ ᠪᠦᠷᠢᠯᠳᠦᠬᠦᠨ ᠳᠦ ᠬᠠᠯᠠᠭᠤᠨ ᠪᠠᠶᠠᠷ ᠬᠦᠷᠭᠡᠶ᠎ᠡ᠃
ᠳᠡᠯᠡᠬᠡᠢ ᠨᠡᠶᠢᠲᠡ ᠶᠢ ᠬᠠᠮᠤᠷᠤᠭᠰᠠᠨ ᠴᠠᠷ᠎ᠠ ᠲᠠᠬᠤᠯ ᠤᠨ ᠨᠥᠬᠥᠴᠡᠯ ᠪᠠᠶᠢᠳᠠᠯ ᠤᠨ ᠤᠯᠠᠮ ᠠᠴᠠ ᠲᠥᠷᠥ ᠶᠢᠨ ᠠᠯᠪᠠᠨ ᠬᠠᠭᠠᠭᠴᠢ ᠶᠢᠨ ᠲᠠᠩᠭᠠᠷᠢᠭ ᠡᠷᠭᠦᠬᠦ ᠠᠵᠢᠯᠯᠠᠭ᠎ᠠ ᠲᠣᠳᠣᠷᠬᠠᠢ ᠬᠤᠭᠤᠴᠠᠭᠠᠨ ᠳᠤ ᠶᠠᠪᠤᠭᠳᠠᠭ᠎ᠠ ᠦᠭᠡᠢ ᠪᠥᠭᠡᠳ ᠡᠨᠡ ᠤᠳᠠᠭ᠎ᠠ ᠬᠣᠯᠪᠣᠭᠳᠠᠬᠤ ᠵᠢᠷᠤᠮ ᠤᠨ ᠳᠠᠭᠠᠤ ᠶᠣᠰᠣᠯᠠᠯ ᠬᠦᠨᠳᠦᠳᠬᠡᠯᠲᠡᠢ ᠪᠡᠷ ᠵᠣᠬᠢᠶᠠᠨ ᠪᠠᠶᠢᠭᠤᠯᠤᠯ᠎ᠠ᠃
ᠲᠠ ᠪᠦᠬᠦᠨ ᠡᠨᠡ ᠮᠥᠴᠡ ᠡᠴᠡ ᠡᠬᠢᠯᠡᠨ ᠡᠷᠭᠦᠭᠰᠡᠨ ᠲᠠᠩᠭᠠᠷᠢᠭ ᠲᠤ ᠪᠠᠨ ᠦᠨᠡᠨᠴᠢ ᠪᠠᠶᠢᠵᠤ᠂ ᠬᠠᠤᠯᠢ ᠳᠤ ᠵᠠᠬᠢᠷᠤᠭᠳᠠᠨ ᠠᠷᠠᠳ ᠢᠷᠭᠡᠳ ᠲᠦ ᠪᠡᠨ ᠲᠡᠭᠰᠢ ᠦᠢᠯᠡᠴᠢᠯᠡᠵᠦ᠂ ᠮᠣᠩᠭᠣᠯ ᠤᠯᠤᠰ ᠤᠨ ᠦᠨᠳᠦᠰᠦᠨ ᠬᠠᠤᠯᠢ ᠪᠣᠯᠤᠨ ᠪᠤᠰᠤᠳ ᠬᠠᠤᠯᠢ ᠲᠣᠭᠲᠠᠭᠠᠮᠵᠢ ᠶᠢ ᠴᠢᠩᠳᠠ ᠰᠠᠬᠢᠩ ᠪᠡᠶᠡᠯᠡᠭᠦᠯᠵᠦ᠂ ᠲᠥᠷᠥ ᠳᠦ ᠪᠡᠨ ᠴᠢᠨ ᠦᠨᠡᠨᠴᠢ ᠪᠡᠷ ᠵᠢᠳᠬᠦᠵᠦ᠂ ᠠᠯᠪᠠᠨ ᠡᠭᠦᠷᠭᠡ ᠪᠡᠨ ᠰᠢᠳᠤᠷᠭᠤ ᠪᠠᠷ ᠪᠡᠶᠡᠯᠡᠭᠦᠯᠵᠦ ᠠᠵᠢᠯᠯᠠᠨ᠎ᠠ ᠭᠡᠳᠡᠭ ᠲᠦ ᠢᠲᠡᠭᠡᠯ ᠲᠡᠢ ᠪᠠᠶᠢᠨ᠎ᠠ》 ᠬᠡᠮᠡᠯ᠎ᠡ᠃
ᠲᠠᠰᠢᠷᠠᠮ ᠳᠤ ᠳᠤᠷᠠᠳᠬᠤ ᠳᠤ ᠪᠠᠲᠤᠯᠠᠨ ᠬᠠᠮᠠᠭᠠᠯᠠᠬᠤ ᠰᠠᠯᠪᠤᠷᠢ ᠶᠢᠨ ᠲᠥᠷᠥ ᠶᠢᠨ ᠵᠢᠩᠬᠢᠨᠢ ᠠᠯᠪᠠᠨ ᠬᠠᠭᠠᠭᠴᠢᠳ ᠲᠥᠷᠥ᠂ ᠠᠷᠠᠳ ᠲᠦᠮᠡᠨ ᠦ ᠪᠡᠨ ᠡᠮᠦᠨ᠎ᠡ ᠬᠣᠶᠠᠷ ᠤᠳᠠᠭ᠎ᠠ ᠲᠠᠩᠭᠠᠷᠢᠭ ᠡᠷᠭᠦᠳᠡᠭ ᠣᠨᠴᠠᠯᠢᠭ ᠲᠠᠢ᠃