ᠪᠠᠲᠤᠯᠠᠨ ᠬᠠᠮᠠᠭᠠᠯᠠᠬᠤ ᠶᠢᠨ ᠰᠠᠶᠢᠳ ᠭᠦ.ᠰᠠᠶᠢᠬᠠᠨᠪᠠᠶᠠᠷ ᠴᠡᠷᠢᠭ ᠦᠨ ᠲᠥᠪ ᠡᠮᠨᠡᠯᠭᠡ ᠳᠦ ᠠᠵᠢᠯᠯᠠᠯ᠎ᠠ

ᠮᠣᠩᠭᠣᠯ ᠤᠯᠤᠰ ᠤᠨ ᠵᠠᠰᠠᠭ ᠤᠨ ᠭᠠᠵᠠᠷ ᠤᠨ ᠭᠡᠰᠢᠭᠦᠨ᠂ ᠪᠠᠲᠤᠯᠠᠨ ᠬᠠᠮᠠᠭᠠᠯᠠᠬᠤ ᠶᠢᠨ ᠰᠠᠶᠢᠳ ᠭ ∙ ᠰᠠᠶᠢᠬᠠᠨᠪᠠᠶᠠᠷ ᠢᠶᠠᠷ ᠠᠬᠠᠯᠠᠭᠤᠯᠤᠭᠰᠠᠨ ᠠᠵᠢᠯ ᠤᠨ ᠬᠡᠰᠡᠭ ᠴᠡᠷᠢᠭ ᠦᠨ ᠲᠥᠪ ᠡᠮᠨᠡᠯᠭᠡ ᠳᠦ ᠠᠵᠢᠯᠯᠠᠯ᠎ᠠ᠃
ᠡᠨᠡ ᠦᠶ᠎ᠡ ᠪᠡᠷ ᠴᠡᠷᠢᠭ ᠦᠨ ᠲᠥᠪ ᠡᠮᠨᠡᠯᠭᠡ ᠶᠢᠨ ᠳᠠᠷᠤᠭ᠎ᠠ ᠶᠡᠷᠦᠩᠬᠡᠢ ᠡᠮᠴᠢ ᠬᠤᠷᠠᠨᠳᠠ ᠪ ∙ ᠡᠩᠬᠡ-ᠣᠳᠣ ᠡᠮᠨᠡᠯᠭᠡ ᠶᠢᠨ ᠦᠢᠯᠡ ᠠᠵᠢᠯᠯᠠᠭ᠎ᠠ᠂ ᠰᠡᠭᠦᠯ ᠦᠨ ᠦᠶ᠎ᠡ ᠳᠦ ᠬᠢᠵᠦ ᠬᠡᠷᠡᠭᠵᠢᠭᠦᠯᠵᠦ ᠪᠤᠢ ᠠᠵᠢᠯ᠂ ᠠᠷᠭ᠎ᠠ ᠬᠡᠮᠵᠢᠶ᠎ᠡ᠂ ᠰᠢᠨ᠎ᠡ ᠪᠡᠷ ᠨᠡᠪᠲᠡᠷᠡᠭᠦᠯᠦᠭᠰᠡᠨ ᠲᠣᠨᠣᠭ ᠲᠥᠬᠥᠭᠡᠷᠦᠮᠵᠢ ᠨᠦᠭᠦᠳ ᠦᠨ ᠲᠠᠯ᠎ᠠ ᠪᠠᠷ ᠪᠣᠯᠤᠨ ᠴᠢᠨᠠᠭᠰᠢᠳᠠ ᠬᠡᠷᠡᠭᠵᠢᠭᠦᠯᠬᠦ ᠠᠵᠢᠯ ᠤᠨ ᠲᠥᠯᠥᠪᠯᠡᠭᠡ᠂ ᠲᠤᠯᠭᠠᠮᠳᠠᠵᠤ ᠪᠤᠢ ᠠᠰᠠᠭᠤᠳᠠᠯ ᠤᠳ ᠤᠨ ᠲᠠᠯ᠎ᠠ ᠪᠠᠷ ᠲᠠᠨᠢᠯᠴᠠᠭᠤᠯᠤᠭᠰᠠᠨ ᠶᠤᠮ᠃
ᠠᠵᠢᠯ ᠤᠨ ᠬᠡᠰᠡᠭ ᠦᠨ ᠪᠦᠷᠢᠯᠳᠦᠬᠦᠨ ᠦᠷᠭᠦᠯᠵᠢᠯᠡᠭᠦᠯᠦᠨ ᠲᠤᠰ ᠡᠮᠨᠡᠯᠭᠡ ᠶᠢᠨ ᠡᠳᠦᠷ ᠦᠨ ᠡᠮᠴᠢᠯᠡᠭᠡᠨ ᠦ ᠲᠠᠰᠤᠭ᠂ ᠰᠢᠳᠦᠨ ᠦ ᠡᠮᠴᠢᠯᠡᠭᠡᠨ ᠦ ᠺᠠᠪᠢᠨᠧᠲ᠂ ᠳᠦᠷᠰᠦ ᠣᠨᠣᠰᠢᠯᠠᠭᠠᠨ ᠤ ᠲᠠᠰᠤᠭ᠂ ᠴᠠᠬᠢᠮ ᠪᠦᠷᠢᠳᠬᠡᠯ ᠦᠨ ᠬᠡᠰᠡᠭ ᠦᠨ ᠲᠣᠬᠢᠵᠢᠯᠲᠠ᠂ ᠦᠢᠯᠡ ᠠᠵᠢᠯᠯᠠᠭ᠎ᠠ ᠪᠣᠯᠤᠨ ᠬᠤᠷᠠᠨᠳᠠ ᠠ᠊ ∙ ᠳᠠᠸᠠᠰᠠᠮᠪᠤᠤ ᠠᠭᠰᠠᠨ ᠤ ᠨᠡᠷᠡᠮᠵᠢᠲᠦ ᠥᠷᠦᠭᠡ᠂ ᠮᠡᠰᠡ ᠵᠠᠰᠠᠯ ᠤᠨ ᠥᠷᠦᠭᠡᠨ ᠨᠦᠭᠦᠳ᠂ ᠬᠦᠴᠢᠯᠲᠦᠶᠢᠷᠦᠭᠴᠢ ᠶᠢᠨ ᠦᠢᠯᠡᠳᠪᠦᠷᠢ᠂ ᠬᠡᠦᠬᠡᠳ ᠦᠨ ᠲᠠᠰᠤᠭ ᠤᠨ ᠡᠳᠦᠷ ᠲᠤᠲᠤᠮ ᠤᠨ ᠦᠢᠯᠡ ᠠᠵᠢᠯᠯᠠᠭ᠎ᠠ ᠲᠠᠢ ᠲᠠᠨᠢᠯᠴᠠᠪᠠ᠃ ᠮᠥᠨ ᠠᠦᠢᠰᠲᠷᠢ ᠤᠯᠤᠰ ᠤᠨ ᠵᠠᠰᠠᠭ ᠤᠨ ᠭᠠᠵᠠᠷ ᠤᠨ ᠬᠥᠩᠭᠡᠯᠡᠯᠲᠡ ᠲᠡᠢ ᠵᠡᠭᠡᠯᠢ ᠪᠡᠷ ᠬᠡᠷᠡᠭᠵᠢᠵᠦ ᠪᠠᠶᠢᠭ᠎ᠠ 《ᠲᠣᠨᠣᠭ ᠲᠥᠬᠦᠭᠡᠷᠦᠮᠵᠢ ᠶᠢᠨ ᠰᠢᠨᠡᠴᠢᠯᠡᠯ-2》 ᠲᠥᠰᠦᠯ ᠦᠨ ᠶᠠᠪᠤᠴᠠ ᠲᠠᠢ ᠲᠠᠨᠢᠯᠴᠠᠵᠤ ᠰᠢᠨ᠎ᠡ ᠪᠡᠷ ᠰᠠᠭᠤᠷᠢᠯᠠᠭᠳᠠᠭᠰᠠᠨ ᠣᠷᠴᠢᠨ ᠦᠶ᠎ᠡ ᠶᠢᠨ ᠯᠠᠮᠢᠨᠠᠷ ᠤᠷᠤᠰᠬᠠᠯ ᠪᠦᠬᠦᠢ ᠸᠠᠺᠦᠶᠢᠮ ᠮᠡᠰᠡ ᠵᠠᠰᠠᠯ ᠤᠨ ᠥᠷᠦᠭᠡ ᠶᠢ ᠨᠡᠭᠡᠭᠡᠵᠦ ᠲᠤᠤᠵᠠ ᠬᠠᠶᠢᠴᠢᠯᠠᠬᠤ ᠶᠣᠰᠣᠯᠠᠯ ᠤᠨ ᠦᠢᠯᠡ ᠠᠵᠢᠯᠯᠠᠭᠠᠨ ᠳᠤ ᠣᠷᠣᠯᠴᠠᠯ᠎ᠠ᠃
ᠲᠡᠭᠦᠰᠬᠡᠯ ᠳᠦ ᠨᠢ ᠪᠠᠲᠤᠯᠠᠨ ᠬᠠᠮᠠᠭᠠᠯᠠᠬᠤ ᠶᠢᠨ ᠰᠠᠶᠢᠳ ᠭ ∙ ᠰᠠᠶᠢᠬᠠᠨᠪᠠᠶᠠᠷ ᠲᠤᠰ ᠡᠮᠨᠡᠯᠭᠡ ᠶᠢᠨ ᠤᠳᠤᠷᠢᠳᠤᠯᠭ᠎ᠠ᠂ ᠡᠮᠴᠢ᠂ ᠰᠤᠪᠢᠯᠠᠭᠴᠢ᠂ ᠠᠵᠢᠯᠲᠠᠨ ᠠᠯᠪᠠᠨ ᠬᠠᠭᠠᠭᠴᠢᠳ ᠲᠠᠢ ᠠᠭᠤᠯᠵᠠᠯᠲᠠ ᠬᠢᠵᠦ ᠰᠡᠭᠦᠯ ᠦᠨ ᠦᠶ᠎ᠡ ᠳᠦ ᠪᠠᠲᠤᠯᠠᠨ ᠬᠠᠮᠠᠭᠠᠯᠠᠬᠤ ᠰᠠᠯᠪᠤᠷᠢ ᠳᠤ ᠥᠷᠨᠢᠵᠦ ᠪᠤᠢ ᠲᠣᠮᠣᠬᠠᠨ ᠪᠦᠲᠦᠭᠡᠯᠴᠢ ᠠᠵᠢᠯ ᠤᠳ ᠤᠨ ᠲᠠᠯ᠎ᠠ ᠪᠠᠷ ᠮᠡᠳᠡᠭᠡᠯᠡᠯ ᠬᠢᠭᠰᠡᠨ ᠶᠤᠮ᠃