ᠰᠣᠶᠣᠯ ᠬᠦᠮᠦᠵᠢᠯ ᠦᠨ ᠠᠬᠠᠮᠠᠳ ᠠᠵᠢᠯᠲᠠᠨ ᠨᠤᠭᠤᠳ ᠢ ᠬᠦᠯᠢᠶᠡᠨ ᠠᠪᠴᠤ ᠠᠭᠤᠯᠵᠠᠪᠠ

ᠣᠯᠠᠨ ᠤᠯᠤᠰ ᠤᠨ ᠠᠬᠠᠮᠠᠳ ᠤᠨ ᠡᠳᠦᠷ ᠢ ᠲᠣᠬᠢᠶᠠᠯᠳᠤᠭᠤᠯᠤᠨ ᠪᠠᠲᠤᠯᠠᠨ ᠬᠠᠮᠠᠭᠠᠯᠠᠬᠤ ᠶᠢᠨ ᠰᠠᠶᠢᠳ ᠭ ∙ ᠰᠠᠶᠢᠬᠠᠨᠪᠠᠶᠠᠷ ᠥᠨᠥᠳᠥᠷ (᠒᠐᠒᠒ ᠣᠨ ᠤ ᠶᠢᠰᠦᠳᠦᠭᠡᠷ ᠰᠠᠷ᠎ᠠ ᠶᠢᠨ ᠒᠙ ᠍ ᠦ ᠡᠳᠦᠷ) ᠴᠡᠷᠢᠭ ᠦᠨ ᠤᠯᠤᠰ ᠲᠥᠷᠥ᠂ ᠰᠤᠶᠤᠯ ᠬᠦᠮᠦᠵᠢᠯ ᠦᠨ ᠠᠵᠢᠯᠲᠠᠨ ᠤ ᠨᠢᠭᠡᠳᠦᠭᠰᠡᠨ ᠡᠪᠯᠡᠯ ᠲᠥᠷᠥ ᠶᠢᠨ ᠪᠤᠰᠤ ᠪᠠᠶᠢᠭᠤᠯᠤᠯᠭ᠎ᠠ ᠤᠨ ᠠᠬᠠᠮᠠᠳ ᠤᠳ ᠢ ᠬᠦᠯᠢᠶᠡᠨ ᠠᠪᠴᠤ ᠠᠭᠤᠯᠵᠠᠪᠠ᠃ ᠒᠐᠑᠕ ᠣᠨ ᠠᠴᠠ ᠬᠣᠶᠢᠰᠢ ᠦᠢᠯᠡ ᠠᠵᠢᠯᠯᠠᠭ᠎ᠠ ᠶᠢ ᠪᠠᠨ ᠶᠠᠪᠤᠭᠤᠯᠵᠤ ᠪᠤᠢ ᠲᠤᠰ ᠪᠠᠶᠢᠭᠤᠯᠤᠯᠭ᠎ᠠ ᠨᠢ ᠴᠡᠷᠢᠭ ᠦᠨ ᠳᠣᠲᠣᠷᠠᠬᠢ ᠤᠯᠤᠰ ᠲᠥᠷᠦ ᠰᠣᠶᠣᠯ ᠬᠦᠮᠦᠵᠢᠯ ᠦᠨ ᠠᠵᠢᠯ ᠤᠨ ᠥᠪ ᠤᠯᠠᠮᠵᠢᠯᠠᠯ᠂ ᠰᠢᠨᠡᠴᠢᠯᠡᠯ ᠢ ᠭᠦᠨᠵᠡᠭᠡᠶᠢᠷᠡᠭᠦᠯᠵᠦ᠂ ᠠᠬᠠᠮᠠᠳ᠂ ᠵᠠᠯᠠᠭᠤ ᠦᠶ᠎ᠡ ᠶᠢᠨ ᠬᠡᠯᠬᠢᠶ᠎ᠡ ᠬᠣᠯᠪᠣᠭ᠎ᠠ ᠶᠢ ᠠᠪᠴᠤ ᠦᠯᠦ ᠳᠦ ᠬᠢ ᠵᠣᠷᠢᠯᠭ᠎ᠠ ᠲᠠᠢ ᠭᠡᠳᠡᠭ ᠢ ᠲᠡᠷᠢᠭᠦᠨ ᠪ ∙ ᠵᠤᠪᠠ ᠣᠨᠴᠠᠯᠠᠵᠤ ᠪᠠᠶᠢᠯ᠎ᠠ᠃ ᠥᠨᠥᠳᠥᠷ ᠦᠨ ᠠᠭᠤᠯᠵᠠᠯᠲᠠ ᠳᠤ ᠳᠥᠷᠪᠡᠨ ᠦᠶ᠎ᠡ ᠶᠢᠨ ᠲᠥᠯᠥᠭᠡᠯᠡᠯ ᠢᠷᠡᠭᠰᠡᠨ ᠲᠡᠳᠦᠢ ᠦᠭᠡᠢ ᠬᠦᠰᠡᠯ ᠰᠣᠨᠢᠷᠬᠠᠯ ᠢᠶᠠᠷ ᠢᠶᠠᠨ ᠨᠢᠭᠡᠳᠦᠭᠰᠡᠨ ᠠᠬᠠᠮᠠᠳ ᠠᠵᠢᠯᠲᠠᠨ ᠨᠤᠭᠤᠳ ᠥᠩᠭᠡᠷᠡᠭᠰᠡᠨ ᠬᠤᠭᠤᠴᠠᠭᠠᠨ ᠳᠤ ᠠᠩᠭᠢ ᠪᠠᠶᠢᠭᠤᠯᠤᠯᠭ᠎ᠠ ᠳᠡᠭᠡᠷ᠎ᠡ ᠴᠡᠷᠢᠭ ᠦᠨ ᠤᠯᠤᠰ ᠲᠥᠷᠥ᠂ ᠰᠤᠶᠤᠯ ᠬᠦᠮᠦᠵᠢᠯ ᠦᠨ ᠠᠵᠢᠯᠲᠠᠨ ᠤ ᠨᠢᠭᠡᠳᠦᠭᠰᠡᠨ ᠡᠪᠯᠡᠯ ᠲᠥᠷᠥ ᠶᠢᠨ ᠪᠤᠰᠤ ᠪᠠᠶᠢᠭᠤᠯᠤᠯᠭ᠎ᠠ ᠪᠠᠨ ᠰᠤᠷᠲᠠᠯᠴᠢᠯᠠᠭᠰᠠᠨ ᠡᠳᠦᠷᠯᠢᠭ ᠢ ᠲᠣᠭᠲᠠᠮᠠᠯ ᠵᠣᠬᠢᠶᠠᠨ ᠪᠠᠶᠢᠭᠤᠯᠵᠤ ᠢᠷᠡᠵᠡᠢ᠃ ᠢᠩᠭᠢᠬᠦ ᠳᠦ ᠪᠡᠨ ᠤᠷᠤᠯᠳᠤᠭᠠᠨ ᠲᠡᠮᠡᠴᠡᠭᠡᠨ᠂ ᠤᠷᠠᠨ ᠰᠠᠶᠢᠬᠠᠨ ᠤ ᠠᠷᠭ᠎ᠠ ᠬᠡᠮᠵᠢᠶ᠎ᠡ ᠵᠣᠬᠢᠶᠠᠨ ᠪᠠᠶᠢᠭᠤᠯᠵᠤ᠂ ᠵᠠᠯᠠᠭᠤ ᠣᠹᠢᠼᠧᠷ ᠤᠳ ᠲᠤ ᠢᠯᠡᠳᠬᠡᠯ ᠲᠠᠯᠪᠢᠵᠤ᠂ ᠦᠨᠡᠲᠡᠢ ᠰᠤᠷᠭᠠᠮᠵᠢ ᠬᠡᠯᠡᠵᠦ᠂ ᠨᠣᠮ ᠤᠨ ᠰᠠᠩ ᠳᠤ ᠨᠣᠮ ᠬᠠᠨᠳᠢᠪᠯᠠᠬᠤ ᠵᠡᠷᠭᠡ ᠠᠵᠢᠯ ᠤᠳ ᠢ ᠬᠢᠳᠡᠭ ᠠᠵᠢ᠃ ᠲᠡᠭᠦᠨᠴᠢᠯᠡᠨ ᠠᠩᠭᠢ ᠪᠠᠶᠢᠭᠤᠯᠤᠯᠭ᠎ᠠ ᠳᠡᠭᠡᠷ᠎ᠡ ᠪᠣᠯᠵᠤ ᠪᠤᠢ ᠰᠤᠶᠤᠯ ᠬᠦᠮᠦᠵᠢᠯ ᠦᠨ ᠠᠵᠢᠯ ᠤᠳ ᠲᠤ ᠳᠡᠮᠵᠢᠯᠭᠡ ᠦᠵᠡᠭᠦᠯᠳᠡᠭ ᠭᠡᠪ᠃

ᠪᠠᠲᠤᠯᠠᠨ ᠬᠠᠮᠠᠭᠠᠯᠠᠬᠤ ᠶᠢᠨ ᠰᠠᠶᠢᠳ ᠭ ∙ ᠰᠠᠶᠢᠬᠠᠨᠪᠠᠶᠠᠷ ᠠᠭᠤᠯᠵᠠᠯᠲᠠ ᠶᠢᠨ ᠦᠶ᠎ᠡ ᠪᠡᠷ ᠠᠬᠠᠮ ᠤᠳ ᠲᠤ ᠥᠩᠭᠡᠷᠡᠭᠰᠡᠨ ᠬᠤᠭᠤᠴᠠᠭᠠᠨ ᠳᠤ ᠬᠢᠵᠦ ᠬᠡᠷᠡᠭᠵᠢᠭᠦᠯᠦᠭᠰᠡᠨ ᠠᠵᠢᠯ ᠤᠳ ᠢᠶᠠᠨ ᠲᠠᠨᠢᠯᠴᠠᠭᠤᠯᠪᠠ᠃ ᠲᠡᠷᠡᠪᠡᠷ ᠪᠠᠲᠤᠯᠠᠨ ᠬᠠᠮᠠᠭᠠᠯᠠᠬᠤ ᠰᠠᠯᠪᠤᠷᠢ ᠴᠠᠭ ᠦᠶᠡ ᠳᠠᠭᠠᠭᠠᠳ ᠥᠭᠡᠷᠡᠴᠢᠯᠡᠭᠳᠡᠵᠦ ᠪᠠᠶᠢᠨ᠎ᠠ᠃ ᠥᠨᠥᠳᠥᠷ ᠮᠠᠨ ᠤ ᠰᠠᠯᠪᠤᠷᠢ ᠤᠯᠤᠰ ᠡᠬᠡ ᠣᠷᠣᠨ ᠤ ᠪᠠᠨ ᠬᠥᠭᠵᠢᠯ ᠳᠡᠪᠰᠢᠯ ᠳᠦ ᠰᠲᠷᠠᠲ᠋ᠧᠭᠢ ᠶᠢᠨ ᠲᠣᠮᠣᠬᠠᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠣᠷᠣᠯᠴᠠᠬᠤ ᠬᠡᠷᠡᠭᠴᠡᠭᠡ ᠱᠠᠭᠠᠷᠳᠠᠯᠭ᠎ᠠ ᠪᠤᠢ ᠪᠣᠯᠵᠠᠢ᠃ ᠥᠩᠭᠡᠷᠡᠭᠰᠡᠨ ᠕ ᠵᠢᠯ ᠦᠨ ᠬᠤᠭᠤᠴᠠᠭᠠᠨ ᠳᠤ ᠮᠣᠩᠭᠣᠯ ᠤᠯᠤᠰ ᠤᠨ ᠵᠡᠪᠰᠡᠭᠲᠦ ᠬᠦᠴᠦᠨ ᠦ ᠪᠡᠶ᠎ᠡ ᠪᠦᠷᠢᠯᠳᠦᠬᠦᠨ ᠙ ᠲᠣᠮᠣ ᠲᠥᠰᠥᠯ ᠳᠡᠭᠡᠷ᠎ᠡ ᠠᠵᠢᠯᠯᠠᠵᠤ᠂ ᠔᠖᠐ ᠣᠷᠴᠢᠮ ᠲᠡᠷᠪᠤᠮ ᠲᠥᠭᠥᠷᠢᠭ ᠢ ᠲᠥᠰᠥᠪ ᠦᠨ ᠮᠥᠩᠭᠥᠨ ᠡᠴᠡ ᠬᠡᠮᠨᠡᠵᠡᠢ᠃ ᠡᠨᠡ ᠪᠣᠯ ᠪᠠᠲᠤᠯᠠᠨ ᠬᠠᠮᠠᠭᠠᠯᠠᠬᠤ ᠰᠠᠯᠪᠤᠷᠢ ᠶᠢᠨ ᠤᠯᠤᠰ ᠡᠬᠡ ᠣᠷᠣᠨ ᠳᠤ ᠪᠠᠨ ᠣᠷᠣᠭᠤᠯᠵᠤ ᠪᠤᠢ ᠬᠤᠪᠢ ᠨᠡᠮᠡᠷᠢ᠃ ᠪᠠᠲᠤᠯᠠᠨ ᠬᠠᠮᠠᠭᠠᠯᠠᠬᠤ ᠰᠠᠯᠪᠤᠷᠢ ᠪᠡᠯᠡᠨ ᠪᠠᠶᠢᠭ᠎ᠠ ᠶᠢᠨ ᠲᠣᠳᠣᠷᠬᠠᠢ ᠢᠯᠡᠷᠬᠡᠶᠢᠯᠡᠯ᠃ ᠴᠢᠨᠠᠭᠰᠢᠳᠠ ᠪᠢᠳᠡ ᠦᠢᠯᠡᠳᠪᠦᠷᠢᠯᠡᠭᠴᠢ ᠰᠠᠯᠪᠤᠷᠢ ᠪᠣᠯᠬᠣᠷ ᠵᠣᠷᠢᠵᠤ ᠪᠠᠶᠢᠨ᠎ᠠ᠃ ᠡᠨᠡ ᠠᠵᠢᠯ ᠴᠤ ᠡᠬᠢᠨ ᠡᠴᠡ ᠪᠡᠨ ᠪᠡᠶᠡᠯᠡᠯ ᠢᠶᠡᠨ ᠣᠯᠵᠤ᠂ ᠳᠣᠲᠣᠭᠠᠳᠤ ᠳᠤ ᠪᠠᠨ ᠵᠠᠷᠢᠮ ᠲᠧᠭᠨᠢᠭ ᠬᠡᠷᠡᠭᠰᠡᠯ ᠦᠳ ᠢᠶᠡᠨ ᠦᠢᠯᠡᠳᠪᠦᠷᠢᠯᠡᠬᠦ ᠪᠡᠷ ᠠᠵᠢᠯᠯᠠᠵᠤ ᠪᠠᠶᠢᠨ᠎ᠠ ᠭᠡᠳᠡᠭ ᠢ ᠣᠨᠴᠠᠯᠠᠭᠰᠠᠨ ᠶᠤᠮ᠃

ᠤᠤᠵᠠᠯᠲᠠ ᠶᠢᠨ ᠦᠶ᠎ᠡ ᠪᠡᠷ ᠠᠬᠠᠮᠠᠳ ᠠᠵᠢᠯᠲᠠᠨ ᠨᠤᠭᠤᠳ ᠦᠨᠡᠲᠡᠢ ᠰᠠᠶᠢᠬᠠᠨ ᠰᠠᠨᠠᠯ ᠰᠠᠨᠠᠭᠠᠴᠢᠯᠠᠭ᠎ᠠ ᠨᠤᠭᠤᠳ ᠢ ᠳᠡᠪᠰᠢᠭᠦᠯᠪᠡ᠃ ᠲᠡᠳᠡ ᠬᠡᠯᠡᠬᠦ ᠳᠦ ᠪᠡᠨ ᠰᠤᠶᠤᠯ ᠬᠦᠮᠦᠵᠢᠯ ᠦᠨ ᠠᠵᠢᠯ ᠤᠳ ᠢ ᠠᠩᠭᠢ ᠪᠠᠶᠢᠭᠤᠯᠤᠯᠭ᠎ᠠ ᠳᠡᠭᠡᠷ᠎ᠡ ᠣᠷᠬᠢᠭᠳᠠᠭᠤᠯᠤᠯ ᠦᠭᠡᠢ ᠬᠦᠷᠲᠡᠭᠡᠮᠵᠢᠲᠡᠢ ᠵᠣᠬᠢᠶᠠᠨ ᠪᠠᠶᠢᠭᠤᠯᠬᠤ᠂ ᠵᠠᠯᠠᠭᠤ ᠣᠹᠢᠼᠧᠷ ᠤᠳ ᠢ ᠬᠦᠮᠦᠨ ᠲᠡᠢ ᠬᠠᠷᠢᠯᠴᠠᠬᠤ ᠠᠷᠭ᠎ᠠ ᠪᠠᠷᠢᠯ ᠳᠤ ᠰᠤᠷᠭᠠᠵᠤ᠂ ᠬᠦᠩ ᠢᠶᠡᠷ ᠬᠦᠮᠦᠨ ᠬᠢᠬᠦ ᠤᠬᠠᠭᠠᠨ ᠢ ᠵᠢᠭᠠᠵᠤ ᠵᠦᠪᠳᠡᠬᠦ᠂ ᠠᠬᠤᠢ ᠶᠢᠨ ᠰᠤᠶᠤᠯ ᠠᠴᠠ ᠢᠯᠡᠭᠦᠦ ᠣᠶᠤᠨ ᠤ ᠰᠤᠶᠤᠯ ᠢ ᠡᠷᠬᠢᠮᠯᠡᠳᠡᠭ ᠪᠠᠶᠢᠬᠤ᠂ 《ᠢᠷᠡᠭᠡᠳᠦᠢ ᠶᠢᠨ ᠪᠠᠲᠤᠯᠠᠨ ᠬᠠᠮᠠᠭᠠᠯᠠᠭᠴᠢ》 ᠺᠣᠨᠼᠧᠫᠦᠴᠡ ᠶᠢ ᠬᠡᠷᠡᠭᠵᠢᠭᠦᠯᠵᠦ᠂ ᠬᠡᠦᠬᠡᠳ ᠵᠠᠯᠠᠭᠤᠰ ᠢ ᠴᠡᠷᠢᠭ ᠡᠬᠡ ᠣᠷᠣᠨᠴᠢ ᠦᠵᠡᠯ ᠬᠦᠮᠦᠵᠢᠯᠲᠡᠢ ᠪᠣᠯᠭᠠᠬᠤ ᠵᠡᠷᠭᠡ ᠰᠠᠨᠠᠯ ᠤᠳ ᠢ ᠪᠠᠲᠤᠯᠠᠨ ᠬᠠᠮᠠᠭᠠᠯᠠᠬᠤ ᠶᠢᠨ ᠰᠠᠶᠢᠳ ᠲᠤ ᠤᠯᠠᠮᠵᠢᠯᠠᠪᠠ᠃